ᠬᠠᠤᠯᠢ ᠳᠦᠷᠢᠮ
ᠶᠠᠭᠤᠨ ᠳᠤ ᠵᠠᠪᠠᠯ ᠦᠨᠳᠦᠰᠦᠲᠡᠨ ᠤ ᠣᠷᠤᠨ ᠤ ᠥᠪᠡᠷᠲᠡᠭᠡᠨ ᠵᠠᠰᠠᠬᠤ ᠬᠠᠤᠯᠢ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠢᠳᠠᠪᠤᠷᠢᠵᠢᠭᠤᠯᠬᠤ ᠬᠡᠷᠡᠭᠲᠡᠢ ᠪᠤᠢ ︖
2016.10.18 ᠲᠣᠰ ᠥᠷᠲᠡᠭᠡᠨ ᠦ ᠨᠠᠢᠷᠠᠭᠤᠯᠤᠭᠴᠢ

 
          ᠣᠳᠣᠬᠠᠨ ᠳᠤ ᠳᠡᠯᠡᠬᠡᠢ ᠳᠤ ᠴᠤᠷ ᠤᠨ ᠭᠠᠭᠴᠠ ᠬᠡᠮᠡᠭᠳᠡᠳᠡᠭ ᠮᠠᠨ ᠤ ᠤᠯᠤᠰ ᠤᠨ ᠨᠢᠭᠡ ᠬᠠᠤᠯᠢ ᠪᠣᠯ ᠳᠠᠷᠤᠢ  ︽ᠪᠦᠭᠦᠳᠡ ᠨᠠᠢᠷᠠᠮᠳᠠᠬᠤ  ᠳᠤᠮᠳᠠᠳᠤ  ᠠᠷᠠᠳ  ᠤᠯᠤᠰ ᠤᠨ  ᠦᠨᠳᠦᠰᠦᠲᠡᠨ ᠤ  ᠣᠷᠤᠨ ᠤ  ᠥᠪᠡᠷᠲᠡᠭᠡᠨ  ᠵᠠᠰᠠᠬᠤ  ᠬᠠᠤᠯᠢ︾  ᠪᠣᠯᠤᠨ᠎ᠠ᠃ ᠦᠨᠳᠦᠰᠦᠲᠡᠨ ᠤ ᠣᠷᠤᠨ ᠤ ᠥᠪᠡᠷᠲᠡᠭᠡᠨ ᠵᠠᠰᠠᠬᠤ ᠬᠠᠤᠯᠢ ᠪᠣᠯ ᠦᠨᠳᠦᠰᠦᠨ  ᠬᠠᠤᠯᠢ ᠶᠢᠨ  ᠲᠣᠭᠲᠠᠭᠠᠯ ᠢᠶᠠᠷ  ᠦᠨᠳᠦᠰᠦᠲᠡᠨ ᠤ ᠣᠷᠤᠨ ᠤ ᠥᠪᠡᠷᠲᠡᠭᠡᠨ ᠵᠠᠰᠠᠬᠤ ᠲᠦᠷᠢᠮ ᠢ ᠬᠡᠷᠡᠭᠵᠢᠭᠦᠯᠬᠦ ᠲᠤᠰᠭᠠᠢ ᠬᠠᠤᠯᠢ ᠴᠠᠭᠠᠵᠠ  ᠮᠥᠨ᠂  ᠤᠯᠤᠰ ᠡᠴᠡ  ᠴᠥᠭᠡᠨ  ᠲᠣᠭᠠᠲᠤ ᠦᠨᠳᠦᠰᠦᠲᠡᠨ ᠪᠤᠯᠤᠨ ᠦᠨᠳᠦᠰᠦᠲᠡᠨ ᠤ ᠭᠠᠵᠠᠷ ᠣᠷᠤᠨ ᠤ  ᠡᠯ᠎ᠡ  ᠲᠥᠷᠦᠯ ᠤᠨ  ᠡᠷᠬᠡ ᠶᠢ  ᠪᠠᠲᠤᠯᠠᠬᠤ  ᠦᠨᠳᠦᠰᠦᠨ  ᠬᠠᠤᠯᠢ ᠴᠠᠭᠠᠵᠠ ᠪᠠᠢᠵᠤ᠂ ᠮᠠᠨ ᠤ ᠤᠯᠤᠰ ᠤᠨ ᠦᠨᠳᠦᠰᠦᠲᠡᠨ ᠤ ᠠᠵᠢᠯ ᠢ ᠬᠠᠤᠯᠢᠵᠢᠭᠤᠯᠬᠤ᠂ ᠳᠦᠷᠢᠮᠵᠢᠭᠦᠯᠬᠦ ᠶᠢᠨ ᠴᠢᠬᠤᠯᠠ  ᠪᠠᠲᠤᠯᠠᠭ᠎ᠠ᠂ ᠬᠠᠤᠯᠢ ᠪᠠᠷ ᠤᠯᠤᠰ ᠢᠶᠠᠨ ᠵᠠᠰᠠᠬᠤ ᠠᠷᠭ᠎ᠠ ᠪᠣᠳᠤᠯᠭ᠎ᠠ ᠶᠢ ᠳᠤᠤᠱᠯᠠᠭᠤᠯᠬᠤ ᠴᠢᠬᠤᠯᠠ ᠢᠯᠡᠷᠡᠯ ᠪᠣᠯᠤᠨ᠎ᠠ᠃         ᠮᠠᠨ ᠤ ᠤᠯᠤᠰ ᠪᠣᠯ  ᠤᠯᠠᠨ  ᠦᠨᠳᠦᠰᠦᠲᠡᠨ ᠲᠠᠢ  ᠨᠢᠬᠡᠳᠤᠮᠠᠯ  ᠤᠯᠤᠰ  ᠪᠠᠢᠵᠤ᠂  ᠦᠨᠳᠦᠰᠦᠲᠡᠨ ᠤ  ᠠᠰᠠᠭᠤᠳᠠᠯ ᠢ ᠰᠢᠳᠪᠤᠷᠢᠯᠠᠬᠦ ᠶᠢ ᠬᠠᠤᠯᠢᠵᠢᠭᠤᠯᠬᠤ ᠵᠠᠮ ᠳᠤ ᠣᠷᠤᠭᠤᠯᠬᠤ ᠨᠢ ᠨᠠᠮ ᠪᠤᠯᠤᠨ  ᠤᠯᠤᠰ ᠤᠨ  ᠢᠮᠠᠭᠲᠠ ᠶᠢᠨ  ᠴᠢᠭᠯᠡᠯᠲᠡ  ᠪᠣᠯᠤᠨ᠎ᠠ᠃ 1949 ᠤᠨ ᠳᠤ᠂ ᠳᠤᠮᠳᠠᠳᠤ ᠤᠯᠤᠰ ᠤᠨ ᠤᠯᠤᠰ ᠲᠥᠷᠦ ᠶᠢᠨ ᠵᠥᠪᠯᠡᠯᠭᠡᠨ ᠤ ᠬᠤᠷᠠᠯ ︽ᠬᠠᠮᠲᠤ ᠶᠢᠨ ᠬᠥᠲᠦᠯᠪᠦᠷᠢ︾ ᠳᠤ ᠮᠠᠨ ᠤ ᠤᠯᠤᠰ  ᠦᠨᠳᠦᠰᠦᠲᠡᠨ ᠤ  ᠣᠷᠤᠨ ᠤ  ᠥᠪᠡᠷᠲᠡᠭᠡᠨ  ᠵᠠᠰᠠᠬᠤ ᠶᠢ  ᠬᠡᠷᠡᠭᠵᠢᠭᠦᠯᠬᠦ ᠶᠢ  ᠲᠣᠳᠤᠷᠬᠠᠢ  ᠳᠤᠭᠳᠠᠭᠠᠵᠠᠢ᠃  1952 ᠤᠨ ᠳᠤ᠂  ᠲᠥᠪ ᠤᠨ  ᠠᠷᠠᠳ ᠤᠨ  ᠵᠠᠰᠠᠭ ᠤᠨ  ᠣᠷᠳᠤᠨ  ︽ᠪᠦᠭᠦᠳᠡ   ᠨᠠᠢᠷᠠᠮᠳᠠᠬᠤ   ᠳᠤᠮᠳᠠᠳᠤ   ᠠᠷᠠᠳ   ᠤᠯᠤᠰ ᠤᠨ ᠦᠨᠳᠦᠰᠦᠲᠡᠨ ᠤ ᠣᠷᠤᠨ ᠤ ᠥᠪᠡᠷᠲᠡᠭᠡᠨ ᠵᠠᠰᠠᠬᠤ ᠶᠢ ᠬᠡᠷᠡᠭᠵᠢᠭᠦᠯᠬᠦ ᠬᠥᠲᠦᠯᠪᠦᠷᠢ︾ ᠶᠢ ᠨᠡᠢᠳᠡᠯᠡᠵᠤ᠂ ᠨᠠᠮ ᠤᠨ  ᠦᠨᠳᠦᠰᠦᠲᠡᠨ ᠤ ᠲᠥᠷᠦ ᠶᠢᠨ ᠪᠣᠳᠤᠯᠭ᠎ᠠ ᠪᠠ ᠦᠨᠳᠦᠰᠦᠨ ᠬᠠᠤᠯᠢ ᠶᠢᠨ ᠲᠣᠭᠲᠠᠭᠠᠯ ᠢᠶᠠᠷ ᠦᠨᠳᠦᠰᠦᠯᠡᠯ ᠪᠣᠯᠭᠠᠵᠤ᠂ ᠦᠨᠳᠦᠰᠦᠲᠡᠨ ᠤ  ᠥᠪᠡᠷᠲᠡᠭᠡᠨ ᠵᠠᠰᠠᠬᠤ ᠭᠠᠵᠠᠷ ᠣᠷᠤᠨ ᠢ ᠪᠠᠢᠭᠤᠯᠬᠤ᠂ ᠥᠪᠡᠷᠲᠡᠭᠡᠨ ᠵᠠᠰᠠᠬᠤ  ᠠᠯᠪᠠᠨ  ᠪᠠᠢᠭᠤᠯᠤᠯᠭ᠎ᠠ ᠶᠢᠨ  ᠪᠦᠷᠢᠯᠳᠦᠯ  ᠪᠤᠯᠤᠨ  ᠥᠪᠡᠷᠲᠡᠭᠡᠨ ᠵᠠᠰᠠᠬᠤ ᠠᠯᠪᠠᠨ ᠪᠠᠢᠭᠤᠯᠤᠯᠭ᠎ᠠ ᠶᠢᠨ ᠡᠷᠬᠡ ᠵᠡᠷᠭᠡ ᠴᠢᠬᠤᠯᠠ ᠠᠰᠠᠭᠤᠳᠠᠯ ᠳᠤ  ᠲᠣᠳᠤᠷᠬᠠᠢ  ᠲᠣᠭᠲᠠᠭᠠᠯ  ᠭᠠᠷᠭᠠᠵᠠᠢ᠃  ᠡᠨᠡ  ᠪᠣᠯ ᠨᠠᠮ ᠤᠨ ᠦᠨᠳᠦᠰᠦᠲᠡᠨ ᠤ ᠲᠥᠷᠦ ᠶᠢᠨ  ᠪᠣᠳᠤᠯᠭ᠎ᠠ ᠶᠢ  ᠬᠠᠤᠯᠢᠵᠢᠭᠤᠯᠤᠭᠰᠠᠨ  ᠬᠠᠮᠤᠭ  ᠠᠩᠬᠠᠨ ᠤ  ᠤᠢᠯᠡᠳᠤᠯᠬᠡ  ᠪᠣᠯᠤᠨ᠎ᠠ᠃ 1954 ᠤᠨ ᠳᠤ ᠬᠤᠷᠠᠯᠳᠤᠭᠰᠠᠠ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ  ᠠᠷᠠᠳ ᠤᠨ  ᠲᠦᠯᠦᠬᠡᠯᠡᠭᠴᠢᠳ ᠤᠨ  ᠶᠡᠬᠡ ᠬᠤᠷᠠᠯ ᠳᠤ ᠦᠨᠳᠦᠰᠦᠲᠡᠨ ᠤ ᠣᠷᠤᠨ ᠤ ᠥᠪᠡᠷᠲᠡᠭᠡᠨ ᠵᠠᠰᠠᠬᠤ ᠲᠦᠷᠢᠮ ᠢ ︽ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠳᠤ ᠪᠢᠴᠢᠵᠦ ᠣᠷᠤᠭᠤᠯᠤᠨ᠂ ᠦᠨᠳᠦᠰᠦᠲᠡᠨ ᠤ ᠣᠷᠤᠨ ᠤ ᠥᠪᠡᠷᠲᠡᠭᠡᠨ  ᠵᠠᠰᠠᠬᠤ  ᠲᠦᠷᠢᠮ ᠤᠨ  ᠬᠠᠤᠯᠢ ᠴᠠᠭᠠᠵᠠ ᠶᠢᠨ ᠪᠠᠢᠷᠢ ᠰᠠᠭᠤᠷᠢ ᠶᠢ ᠲᠣᠳᠤᠷᠬᠠᠢᠯᠠᠭᠰᠠᠨ ᠪᠠᠢᠨ᠎ᠠ᠃ 1984  ᠤᠨ ᠳᠤ᠂  ᠵᠢᠷᠭᠤᠳᠤᠭᠠᠷ  ᠬᠤᠭᠤᠴᠠᠭᠠᠨ ᠤ  ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠬᠡ  ᠬᠤᠷᠠᠯ ᠤᠨ  ᠬᠣᠶᠠᠳᠤᠭᠠᠷ  ᠬᠤᠷᠠᠯ ᠢᠶᠠᠷ  ᠪᠠᠳᠤᠯᠠᠭᠰᠠᠠ  ᠦᠨᠳᠦᠰᠦᠲᠡᠨ ᠤ ᠣᠷᠤᠨ ᠤ ᠥᠪᠡᠷᠲᠡᠭᠡᠨ ᠵᠠᠰᠠᠬᠤ ᠬᠠᠤᠯᠢ ᠨᠢ ᠮᠠᠨ ᠤ ᠤᠯᠤᠰ ᠤᠨ ᠦᠨᠳᠦᠰᠦᠲᠡᠨ ᠤ ᠣᠷᠤᠨ ᠤ ᠥᠪᠡᠷᠲᠡᠭᠡᠨ ᠵᠠᠰᠠᠬᠤ ᠶᠢᠨ  ᠲᠤᠬᠠᠢ ᠬᠠᠮᠤᠭ ᠠᠩᠬᠠᠨ ᠤ ᠲᠤᠰᠭᠠᠢ ᠬᠠᠤᠯᠢ ᠪᠠᠢᠵᠤ᠂ ᠡᠨᠡ ᠨᠢ ᠮᠠᠨ ᠤ ᠤᠯᠤᠰ ᠤᠨ ᠦᠨᠳᠦᠰᠦᠲᠡᠨ ᠤ ᠣᠷᠤᠨ ᠤ ᠥᠪᠡᠷᠲᠡᠭᠡᠨ ᠵᠠᠰᠠᠬᠤ ᠶᠢ ᠬᠡᠷᠡᠭᠵᠢᠭᠦᠯᠬᠦ᠂ ᠦᠨᠳᠦᠰᠦᠲᠡᠨ ᠤ  ᠠᠰᠠᠭᠤᠳᠠᠯ ᠢ  ᠰᠢᠢᠳᠪᠦᠷᠢᠯᠡᠬᠦ ᠨᠢ  ᠬᠠᠤᠯᠢᠵᠢᠬᠤ  ᠵᠠᠮ ᠢᠶᠠᠷ  ᠴᠢᠬᠤᠯᠠ  ᠠᠯᠬᠤᠮ  ᠡᠯᠬᠤᠭᠰᠠᠠ ᠢ ᠬᠠᠷᠠᠭᠤᠯᠵᠠᠢ᠃ ᠨᠡᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ  ᠳᠦᠷᠢᠮ ᠤᠨ  ᠱᠠᠭᠠᠷᠳᠠᠯᠭ᠎ᠠ ᠳᠤ  ᠵᠣᠬᠢᠴᠠᠭᠤᠯᠬᠤ ᠶᠢᠨ ᠲᠥᠯᠦᠭᠡ᠂ 2001 ᠤᠨ ᠳᠤ᠂ ᠶᠢᠰᠤᠳᠤᠬᠡᠷ  ᠬᠤᠭᠤᠴᠠᠭᠠᠨ ᠤ  ᠪᠦᠬᠦ  ᠤᠯᠤᠰ ᠤᠨ  ᠠᠷᠠᠳ ᠤᠨ  ᠲᠦᠯᠦᠬᠡᠯᠡᠭᠴᠢᠳ ᠤᠨ  ᠶᠡᠬᠡ ᠬᠤᠷᠠᠯ ᠤᠨ ᠬᠣᠷᠢᠳᠤᠭᠠᠷ ᠬᠤᠷᠠᠯ ᠢᠶᠠᠷ ᠰᠢᠨ᠎ᠡ ᠪᠠᠷ ᠵᠠᠰᠠᠪᠤᠷᠢ ᠤᠷᠤᠭᠤᠯᠤᠭᠰᠠᠠ ᠦᠨᠳᠦᠰᠦᠲᠡᠨ ᠤ ᠣᠷᠤᠨ ᠤ ᠥᠪᠡᠷᠲᠡᠭᠡᠨ  ᠵᠠᠰᠠᠬᠤ ᠬᠠᠤᠯᠢ ᠶᠢ ᠪᠠᠲᠤᠯᠠᠵᠠᠢ᠃ ᠵᠠᠰᠠᠪᠤᠷᠢ ᠣᠷᠤᠭᠤᠯᠤᠭᠰᠠᠨ ᠦᠨᠳᠦᠰᠦᠲᠡᠨ ᠤ ᠣᠷᠤᠨ ᠤ ᠥᠪᠡᠷᠲᠡᠭᠡᠨ ᠵᠠᠰᠠᠬᠤ ᠬᠠᠤᠯᠢ ᠨᠢ ᠰᠢᠨ᠎ᠡ  ᠴᠠᠭ ᠦᠶ᠎ᠡ ᠶᠢᠨ ᠦᠨᠳᠦᠰᠦᠲᠡᠨ ᠤ ᠭᠠᠵᠠᠷ ᠣᠷᠤᠨ ᠤ ᠠᠵᠤ ᠠᠬᠤᠢ᠂ ᠤᠯᠤᠰ  ᠲᠥᠷᠦ᠂  ᠰᠣᠶᠤᠯ ᠤᠨ  ᠬᠥᠭᠵᠢᠯᠲᠡ ᠶᠢᠨ  ᠳᠤᠯᠭᠠᠮ᠎ᠠ ᠱᠠᠭᠠᠷᠳᠠᠯᠭ᠎ᠠ ᠶᠢ ᠭᠦᠢᠴᠡᠳ ᠲᠤᠰᠭᠠᠵᠤ᠂ ᠡᠨᠡᠬᠦ ᠬᠠᠤᠯᠢ ᠴᠠᠭᠠᠵᠠ ᠶᠢ ᠤᠯᠠᠮ ᠪᠦᠷᠢᠨ ᠲᠡᠭᠦᠯᠳᠡᠷ ᠪᠣᠯᠭᠠᠵᠠᠢ᠃ ᠡᠭᠦᠨ ᠳᠤ  ᠬᠠᠮᠤᠭ ᠤᠨ ᠭᠣᠣᠯ ᠪᠣᠯᠬᠤ ᠠᠭᠤᠯᠭ᠎ᠠ ᠭᠡᠪᠡᠯ᠂ ᠬᠠᠤᠯᠢ  ᠴᠠᠭᠠᠵᠠ  ᠲᠡᠬᠡᠷ᠎ᠠ  ᠦᠨᠳᠦᠰᠦᠲᠡᠨ ᠤ  ᠣᠷᠤᠨ ᠤ  ᠥᠪᠡᠷᠲᠡᠭᠡᠨ  ᠵᠠᠰᠠᠬᠤ  ᠲᠦᠷᠢᠮ ᠢ ᠵᠢᠩᠬᠢᠨᠢ ᠪᠠᠷ ᠤᠯᠤᠰ ᠤᠨ ᠨᠢᠭᠡ ᠵᠦᠢᠯ ᠤᠨ ᠦᠨᠳᠦᠰᠦᠨ ᠤᠯᠤᠰ ᠲᠥᠷᠦ ᠶᠢᠨ ᠲᠦᠷᠢᠮ ᠢᠶᠠᠷ ᠲᠣᠭᠲᠠᠭᠠᠭᠰᠠᠨ ᠪᠠᠢᠨ᠎ᠠ᠃  2005 ᠤᠨ ᠳᠤ᠂ ᠲᠥᠷᠦ ᠶᠢᠨ ᠶᠠᠪᠤᠳᠠᠯ ᠤᠨ ᠬᠣᠷᠢᠶ᠎ᠠ ᠡᠴᠡ ︽︿ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠤᠨ ᠤ ᠥᠪᠡᠷᠲᠡᠭᠡᠨ ᠵᠠᠰᠠᠬᠤ ᠬᠠᠤᠯᠢ ﹀ ᠶᠢ ᠬᠡᠷᠡᠭᠵᠢᠭᠦᠯᠬᠦ ᠲᠤᠬᠠᠢ ᠲᠣᠭᠲᠠᠭᠠᠯ︾ ᠢ ᠨᠡᠢᠲᠡᠯᠠᠵᠠᠢ᠃ ᠡᠨᠡ ᠪᠣᠯ  ᠦᠨᠳᠦᠰᠦᠲᠡᠨ ᠤ ᠣᠷᠤᠨ ᠤ ᠥᠪᠡᠷᠲᠡᠭᠡᠨ ᠵᠠᠰᠠᠬᠤ ᠬᠠᠤᠯᠢ ᠶᠢ ᠬᠡᠷᠡᠭᠵᠢᠭᠦᠯᠬᠦ ᠬᠠᠮᠤᠭ ᠠᠩᠬᠠᠨ ᠤ ᠵᠠᠰᠠᠭ  ᠵᠠᠬᠢᠷᠭᠠᠨ ᠤ  ᠬᠠᠤᠯᠢ  ᠳᠦᠷᠢᠮ  ᠪᠣᠯᠤᠨ᠎ᠠ᠃ ᠣᠳᠣᠬᠠᠨ ᠳᠤ᠂ ᠲᠥᠷᠦ ᠶᠢᠨ ᠶᠠᠪᠤᠳᠠᠯ ᠤᠨ ᠬᠣᠷᠢᠶ᠎ᠠ ᠵᠢᠴᠢ ᠲᠡᠭᠦᠨ ᠤ ᠡᠭᠦᠷᠭᠡ ᠴᠢᠳᠠᠪᠬᠢ ᠪᠦᠬᠦᠢ ᠰᠠᠯᠠᠭ᠎ᠠ ᠮᠥᠴᠢᠷ  ᠨᠢᠭᠡᠨᠲᠡ  30 ᠭᠠᠷᠤᠢ ᠵᠠᠰᠠᠭ ᠵᠠᠬᠢᠷᠭᠠᠨ ᠤ ᠬᠠᠤᠯᠢ ᠳᠦᠷᠢᠮ᠂ ᠰᠠᠯᠠᠭ᠎ᠠ ᠮᠥᠴᠢᠷ ᠤᠨ ᠲᠣᠭᠲᠠᠭᠠᠯ ᠢ ᠲᠣᠭᠲᠠᠭᠠᠵᠤ᠂  ᠦᠨᠳᠦᠰᠦᠲᠡᠨ ᠤ  ᠥᠪᠡᠷᠲᠡᠭᠡᠨ ᠵᠠᠰᠠᠬᠤ ᠭᠠᠵᠠᠷ ᠣᠷᠤᠨ ᠨᠢᠭᠡᠨᠲᠡ 130 ᠭᠠᠷᠤᠢ ᠥᠪᠡᠷᠲᠡᠭᠡᠨ ᠵᠠᠰᠠᠬᠤ ᠲᠦᠷᠢᠮ᠂ 420 ᠭᠠᠷᠤᠢ ᠲᠤᠰᠭᠠᠢ  ᠲᠦᠷᠢᠮ  ᠲᠣᠭᠲᠠᠭᠠᠯ ᠪᠤᠯᠤᠨ 70 ᠭᠠᠷᠤᠢ ᠣᠷᠤᠨ ᠨᠤᠲᠤᠭ ᠤᠨ ᠴᠢᠨᠠᠷᠲᠠᠢ ᠬᠠᠤᠯᠢ ᠳᠦᠷᠢᠮ ᠢ  ᠳᠤᠭᠳᠠᠭᠠᠵᠠᠢ᠃  ᠡᠳᠡᠭᠡᠷ ᠨᠢ  ᠴᠥᠮ  ᠦᠨᠳᠦᠰᠦᠲᠡᠨ ᠤ ᠣᠷᠤᠨ ᠤ ᠥᠪᠡᠷᠲᠡᠭᠡᠨ ᠵᠠᠰᠠᠬᠤ ᠲᠦᠷᠢᠮ ᠤᠨ ᠬᠠᠤᠯᠢᠵᠢᠬᠤ ᠠᠬᠢᠴᠠ ᠶᠢ ᠬᠦᠴᠦᠲᠡᠢ  ᠠᠬᠢᠭᠤᠯᠵᠤ᠂  ᠦᠨᠳᠦᠰᠦᠲᠡᠨ ᠤ  ᠣᠷᠤᠨ ᠤ ᠥᠪᠡᠷᠲᠡᠭᠡᠨ ᠵᠠᠰᠠᠬᠤ ᠨᠢ ᠦᠨᠳᠦᠰᠦᠨ ᠲᠦᠷᠢᠮ ᠤᠨ ᠳᠠᠪᠬᠤᠷᠭ᠎ᠠ ᠳᠤ ᠲᠡᠳᠦᠢ ᠦᠭᠡᠢ᠂ ᠪᠣᠳᠠᠲᠤ  ᠤᠢᠯᠡᠳᠤᠯᠬᠡ ᠶᠢᠨ  ᠶᠠᠪᠤᠴᠠ ᠳᠤ ᠦᠨᠡᠨᠬᠦ ᠬᠠᠤᠯᠢ ᠶᠢᠨ ᠦᠨᠳᠦᠰᠦᠯᠡᠯ ᠲᠠᠢ ᠪᠣᠯᠤᠭᠰᠠᠨ ᠪᠠᠢᠨ᠎ᠠ᠃         ᠦᠨᠳᠦᠰᠦᠲᠡᠨ ᠤ ᠣᠷᠤᠨ ᠤ ᠥᠪᠡᠷᠲᠡᠭᠡᠨ ᠵᠠᠰᠠᠬᠤ ᠬᠠᠤᠯᠢ ᠨᠢ ᠬᠠᠤᠯᠢ ᠴᠠᠭᠠᠵᠠ ᠲᠡᠬᠡᠷ᠎ᠠ ᠦᠨᠳᠦᠰᠦᠲᠡᠨ ᠤ ᠡᠷᠬᠡ ᠲᠡᠭᠰᠢ ᠪᠠᠢᠬᠤ ᠵᠠᠷᠴᠢᠮ ᠢ ᠤᠯᠠᠮ ᠨᠢᠭᠡ ᠠᠯᠬᠤᠮ ᠨᠠᠢᠳᠠᠪᠤᠷᠢᠵᠢᠭᠤᠯᠵᠤ᠄ ᠡᠯ᠎ᠡ ᠦᠨᠳᠦᠰᠦᠲᠡᠨ ᠴᠥᠮ ᠡᠷᠬᠡ ᠲᠡᠭᠰᠢ ᠪᠠᠷ ᠤᠯᠤᠰ ᠤᠨ ᠬᠡᠷᠡᠭ ᠶᠠᠪᠤᠳᠠᠯ ᠤᠨ ᠬᠠᠮᠢᠶᠠᠷᠤᠯᠲᠠ ᠳᠤ ᠣᠷᠤᠯᠴᠠᠬᠤ ᠡᠷᠬᠡ ᠲᠠᠢ᠂ ᠡᠯ᠎ᠡ ᠦᠨᠳᠦᠰᠦᠲᠡᠨ  ᠴᠥᠮ  ᠥᠪᠡᠷ ᠤᠨ  ᠦᠨᠳᠦᠰᠦᠲᠡᠨ ᠤ  ᠦᠭᠡ ᠬᠡᠯᠡ᠂ ᠦᠰᠦᠭ ᠪᠢᠴᠢᠭ᠌ ᠢ ᠬᠡᠷᠡᠭᠯᠡᠬᠦ ᠪᠠ ᠬᠥᠭᠵᠢᠭᠦᠯᠬᠦ ᠡᠷᠬᠡ ᠲᠠᠢ᠂ ᠤᠯᠤᠰ ᠡᠴᠡ ᠴᠥᠭᠡᠨ  ᠲᠣᠭᠠᠲᠤ  ᠦᠨᠳᠦᠰᠦᠲᠡᠨ ᠤ  ᠡᠷᠬᠡᠲᠦ ᠠᠷᠠᠳ ᠤᠨ ᠰᠤᠷᠭᠠᠨ ᠬᠥᠮᠦᠵᠢᠯ ᠬᠦᠷᠲᠡᠬᠦ᠂ ᠠᠵᠢᠯ ᠤᠯᠬᠤ ᠵᠡᠷᠭᠡ ᠲᠠᠯ᠎ᠠ ᠪᠠᠷ ᠬᠢ ᠡᠷᠬᠡ  ᠲᠡᠭᠰᠢ  ᠡᠷᠬᠡ ᠶᠢ ᠬᠦᠨᠳᠦᠳᠭᠡᠬᠦ ᠪᠥᠭᠡᠳ ᠪᠠᠲᠤᠯᠠᠨ᠎ᠠ᠃ ᠤᠯᠤᠰ ᠡᠴᠡ ᠴᠥᠭᠡᠨ ᠲᠣᠭᠠᠲᠤ ᠦᠨᠳᠦᠰᠦᠲᠡᠨ ᠤ ᠱᠠᠰᠢᠨ ᠰᠤᠷᠲᠠᠬᠤᠨ ᠪᠤᠯᠤᠨ ᠰᠢᠲᠦᠯᠭᠡ ᠪᠢᠰᠢᠷᠡᠯ ᠤᠨ ᠴᠢᠯᠦᠭᠡᠲᠡᠢ ᠪᠠᠢᠬᠤ ᠡᠷᠬᠡ ᠶᠢ ᠬᠦᠨᠳᠤᠳᠬᠡᠬᠦ ᠪᠥᠭᠡᠳ ᠪᠠᠲᠤᠯᠠᠨ᠎ᠠ ᠭᠡᠵᠦ ᠳᠤᠭᠳᠠᠭᠠᠵᠠᠢ᠃ ᠦᠨᠳᠦᠰᠦᠲᠡᠨ ᠤ ᠣᠷᠤᠨ ᠤ  ᠥᠪᠡᠷᠲᠡᠭᠡᠨ  ᠵᠠᠰᠠᠬᠤ ᠬᠠᠤᠯᠢ ᠳᠤ ᠡᠯ᠎ᠡ ᠦᠨᠳᠦᠰᠦᠲᠡᠨ ᠤ ᠥᠪᠡᠷᠲᠡᠭᠡᠨ ᠵᠠᠰᠠᠬᠤ ᠭᠠᠵᠠᠷ ᠣᠷᠤᠨ ᠤ ᠠᠵᠤ  ᠠᠬᠤᠢ᠂  ᠰᠤᠷᠭᠠᠨ  ᠬᠥᠮᠦᠵᠢᠯ᠂  ᠰᠢᠨᠵᠢᠯᠡᠬᠦ ᠤᠬᠠᠭᠠᠨ ᠮᠡᠷᠭᠡᠵᠢᠯ᠂ ᠰᠣᠶᠤᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠵᠡᠷᠭᠡ ᠦᠢᠯᠡᠰ ᠢ ᠲᠦᠷᠭᠡᠳᠭᠡᠨ ᠬᠥᠭᠵᠢᠭᠦᠯᠬᠦ ᠶᠢ ᠳᠡᠮᠵᠢᠬᠦ ᠶᠢ ᠳᠤᠰᠬᠠᠢᠯᠡᠨ ᠪᠢᠴᠢᠵᠦ  ᠣᠷᠤᠭᠤᠯᠤᠨ᠂  ᠡᠯ᠎ᠡ  ᠱᠠᠲᠤᠨ ᠤ  ᠵᠠᠰᠠᠭ ᠤᠨ  ᠣᠷᠳᠤᠨ ᠤ  ᠬᠠᠷᠠᠭᠠᠯᠵᠠᠯ ᠤᠨ  ᠲᠥᠷᠦ ᠶᠢᠨ  ᠪᠣᠳᠤᠯᠭ᠎ᠠ ᠲᠣᠭᠲᠠᠭᠠᠬᠤ ᠶᠢ ᠱᠠᠭᠠᠷᠳᠠᠵᠤ᠂ ᠤᠯᠤᠰ ᠤᠨ ᠳᠣᠲᠤᠭᠠᠳᠤ ᠭᠠᠳᠠᠭᠠᠳᠤ ᠶᠢᠨ ᠪᠡᠯᠡ ᠮᠥᠩᠭᠦ ᠶᠢ ᠦᠨᠳᠦᠰᠦᠲᠡᠨ ᠤ ᠥᠪᠡᠷᠲᠡᠭᠡᠨ ᠵᠠᠰᠠᠬᠤ ᠭᠠᠵᠠᠷ ᠣᠷᠤᠨ ᠳᠤ ᠲᠠᠲᠠᠨ ᠣᠷᠤᠭᠤᠯᠬᠤ ᠶᠢ ᠬᠦᠳᠤᠯᠤᠨ ᠵᠢᠯᠤᠭᠤᠳᠬᠤ ᠪᠠ  ᠵᠣᠷᠢᠭᠵᠢᠭᠤᠯᠵᠤ᠂  ᠡᠯ᠎ᠡ  ᠱᠠᠲᠦᠨ ᠤ  ᠤᠯᠤᠰ ᠤᠨ ᠠᠯᠪᠠᠨ ᠪᠠᠢᠭᠤᠯᠤᠯᠭ᠎ᠠ ᠤᠯᠤᠰ ᠠᠷᠠᠳ ᠤᠨ ᠠᠵᠤ ᠠᠬᠤᠢ ᠬᠢᠭᠡᠳ ᠨᠡᠢᠭᠡᠮ ᠤᠨ  ᠬᠥᠭᠵᠢᠯᠲᠡ ᠶᠢᠨ  ᠲᠥᠯᠦᠪᠯᠡᠭᠡ ᠶᠢ  ᠲᠣᠭᠲᠠᠭᠠᠬᠤ ᠦ᠋ᠠᠰ᠂ ᠦᠨᠳᠦᠰᠦᠲᠡᠨ ᠤ ᠥᠪᠡᠷᠲᠡᠭᠡᠨ ᠵᠠᠰᠠᠬᠤ ᠭᠠᠵᠠᠷ ᠣᠷᠤᠨ ᠤ ᠣᠨᠴᠠᠯᠢᠭ ᠪᠠ  ᠬᠡᠷᠡᠭᠴᠡᠭᠡ ᠶᠢ  ᠬᠠᠷᠠᠭᠠᠯᠵᠠᠪᠡᠯ  ᠵᠣᠬᠢᠨ᠎ᠠ  ᠭᠡᠵᠦ ᠱᠠᠭᠠᠷᠳᠠᠵᠠᠢ᠃  ᠡᠨᠡ ᠨᠢ  ᠦᠨᠳᠦᠰᠦᠲᠡᠨ ᠤ  ᠣᠷᠤᠨ ᠤ  ᠠᠵᠤ  ᠠᠬᠤᠢ  ᠨᠡᠢᠭᠡᠮ ᠤᠨ  ᠬᠥᠭᠵᠢᠯᠲᠡ ᠶᠢ  ᠠᠬᠢᠭᠤᠯᠬᠤ᠂   ᠡᠯ᠎ᠡ ᠦᠨᠳᠦᠰᠦᠲᠡᠨ ᠤ ᠬᠠᠮᠲᠤ ᠪᠠᠷ ᠴᠡᠴᠡᠭᠯᠡᠨ ᠬᠥᠭᠵᠢᠬᠦ ᠶᠢ ᠪᠡᠶᠡᠯᠡᠭᠦᠯᠬᠦ ᠳᠤ ᠴᠢᠬᠤᠯᠠ ᠪᠠᠲᠤᠯᠠᠭ᠎ᠠ ᠬᠠᠩᠭᠠᠭᠰᠠᠨ ᠪᠠᠢᠨ᠎ᠠ᠃         ᠦᠨᠳᠦᠰᠦᠲᠡᠨ ᠤ ᠣᠷᠤᠨ ᠤ ᠥᠪᠡᠷᠲᠡᠭᠡᠨ ᠵᠠᠰᠠᠬᠤ ᠬᠠᠤᠯᠢ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠢᠳᠠᠪᠤᠷᠢᠵᠢᠭᠤᠯᠬᠤ ᠶᠢ ᠳᠠᠭᠠᠯᠳᠤᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠢᠭᠡᠮ ᠵᠢᠷᠤᠮ ᠤᠨ ᠦᠨᠳᠦᠰᠦᠲᠡᠨ ᠤ ᠬᠠᠤᠯᠢ ᠴᠠᠭᠠᠵᠠ ᠬᠠᠤᠯᠢ  ᠳᠦᠷᠢᠮ ᠤᠨ ᠰᠢᠰᠲ᠋ᠧᠮ ᠬᠢᠭᠡᠳ ᠬᠢᠨᠠᠨ ᠪᠠᠢᠴᠠᠭᠠᠬᠤ ᠳᠤᠭᠳᠠᠴᠠ ᠶᠢ ᠪᠠᠢᠭᠤᠯᠤᠨ ᠪᠦᠷᠢᠨᠰᠢᠬᠦᠯᠬᠦ ᠶᠢ ᠳᠠᠭᠠᠯᠳᠤᠨ᠂ ᠺᠠᠲᠷ ᠤᠯᠠᠨ ᠲᠦᠮᠡᠨ ᠤ  ᠬᠠᠤᠯᠢ ᠴᠠᠭᠠᠵᠠ ᠶᠢᠨ ᠦᠵᠡᠯ ᠤᠬᠠᠮᠰᠠᠷ  ᠲᠠᠰᠤᠷᠠᠯᠲᠠ  ᠦᠭᠡᠢ  ᠲᠡᠬᠡᠭᠰᠢᠯᠡᠬᠦ ᠶᠢ  ᠳᠠᠭᠠᠯᠳᠤᠨ᠂  ᠮᠠᠨ ᠤ  ᠤᠯᠤᠰ ᠤᠨ  ᠦᠨᠳᠦᠰᠦᠲᠡᠨ ᠤ ᠣᠷᠤᠨ ᠤ ᠥᠪᠡᠷᠲᠡᠭᠡᠨ ᠵᠠᠰᠠᠬᠤ ᠲᠦᠷᠢᠮ ᠨᠢ ᠯᠠᠪᠲᠠᠢ ᠨᠡᠩ  ᠳᠤᠪᠤᠢᠮ᠎ᠠ  ᠳᠠᠪᠠᠭᠤᠯᠢᠭ  ᠴᠢᠨᠠᠷ᠂  ᠨᠡᠩ  ᠥᠷᠨᠢᠭᠦᠨ  ᠠᠮᠢᠵᠢᠷᠠᠯ ᠤᠨ ᠬᠦᠴᠦᠨ ᠢᠶᠠᠨ ᠢᠯᠡᠷᠡᠭᠦᠯᠬᠦ ᠶᠤᠮ᠃  
  
  ᠳᠣᠷᠤᠨ᠎ᠠ
 ᠥᠪᠦᠷ ᠮᠣᠩᠭᠤᠯ ᠤᠨ ᠡᠳᠦᠷ ᠤᠨ ᠰᠣᠨᠢᠨ  
 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ ᠮᠤᠩᠭ᠋ᠤᠯ  ᠤᠨ ᠳᠡᠯᠡᠬᠡᠢ ᠮᠡᠳᠡᠭᠡ ᠵᠠᠩᠬᠢ ᠮᠡᠷᠭᠡᠵᠢᠯ  ᠤᠨ ᠬᠢᠵᠠᠭᠠᠷᠲᠦ ᠺᠤᠮᠫᠠᠨᠢ  ᠡᠴᠡ ᠮᠡᠷᠭᠡᠵᠢᠯ ᠬᠠᠩᠭ᠋ᠠᠪᠠ
蒙ICP备12003062号